内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        365赢多少钱会被限额_国内有真正的365平台吗_365bet博彩官网

        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ    ᠰᠦᠨ ᠱᠤᠤ ᠴᠧᠩ ᠬᠤᠷᠠᠯ ᠢ ᠡᠷᠭᠢᠯᠡᠵᠠᠢ
        ᠨᠡᠶᠢᠲᠡᠯᠡᠭᠰᠡᠨ ᠴᠠᠭ᠄
        2023/3/15
               3 ᠰᠠᠷ᠎ᠠ ᠶᠢᠨ 14 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠲᠥᠪ ᠤᠨ ᠨᠠᠮ ᠤᠨ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠭᠢᠯᠡᠭᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ︽ ᠦᠨᠡᠨ ︾ ᠰᠡᠳᠬᠦᠯ ᠳᠡᠭᠡᠷ᠎ᠡ ᠨᠡᠶᠢᠲᠡᠯᠡᠭᠰᠡᠨ ︽ ᠰᠢᠨ᠎ᠡ ᠴᠠᠭ ᠦᠶ᠎ᠡ ᠶᠢᠨ ᠨᠠᠮ ᠪᠣᠯᠣᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠬᠤ ᠵᠠᠶᠢᠯᠠᠰᠢ ᠦᠭᠡᠢ ᠵᠠᠮ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠂ ᠤᠯᠤᠰ ᠪᠣᠯᠣᠨ ᠴᠡᠷᠢᠭ ᠠᠩᠭᠢ ᠶᠢᠨ ᠬᠥᠭᠵᠢᠯᠲᠡ ᠳᠤ ᠬᠤᠯᠪᠣᠭᠳᠠᠬᠤ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ ᠃ ᠡᠯ᠎ᠡ ᠱᠠᠲᠤᠨ ᠤ ᠬᠢᠨ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠭᠦ ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠂ ᠥᠭᠡᠷᠡᠴᠢᠯᠡᠯᠲᠡ ᠨᠡᠭᠡᠭᠡᠯᠲᠡ ᠂ ᠦᠨᠳᠦᠰᠦᠨ ᠱᠠᠲᠤᠨ ᠤ ᠵᠠᠰᠠᠯᠲᠠ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠂ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠃ ᠣᠨᠴᠠᠭᠠᠶᠢᠯᠠᠨ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ ᠂ ᠡᠨᠧᠷᠭᠢ ᠂ ᠬᠤᠪᠣᠷ ᠰᠢᠷᠣᠢ ᠂ ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠥᠷᠥᠯ ᠵᠦᠢᠯ ᠢ ᠭᠦᠨᠵᠡᠭᠡᠢ ᠲᠥᠯᠥᠪᠵᠢᠭᠦᠯᠦᠨ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠳᠤᠲᠠᠭᠤᠳᠠᠯ ᠢ ᠱᠠᠯᠠᠪᠳᠠᠭᠤᠯᠤᠨ ᠨᠥᠬᠦᠪᠦᠷᠢᠯᠡᠬᠦ ᠬᠡᠷᠡᠭᠲᠡᠢ ᠃ ︽ ᠬᠤᠶᠠᠷ ᠡᠷᠡᠰ ᠭᠤᠶᠢᠪᠢᠰᠢ ᠦᠭᠡᠢ ︾ ᠪᠠᠶᠢᠬᠤ ᠵᠡᠷᠭᠡ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡ ᠪᠣᠳᠣᠯᠬᠢᠯᠠᠵᠤ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ ᠂ ᠠᠮᠠᠯᠳᠠᠭᠰᠠᠨ ᠵᠦᠢᠯ ᠢᠶᠠᠨ ᠪᠦᠭᠦ ᠲᠠᠯ᠎ᠠ ᠪᠠᠷ ᠪᠡᠶᠡᠯᠡᠭᠦᠯᠵᠦ ᠂ ᠪᠣᠳᠠᠲᠠᠢ ᠶᠠᠪᠤᠳᠠᠯ ᠪᠣᠯᠭᠠᠨ ᠠᠴᠠ ᠡᠬᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠦᠨᠡᠨ ᠪᠣᠳᠠᠲᠠᠢ ᠰᠢᠢᠳᠪᠦᠷᠢᠯᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ

        365赢多少钱会被限额_国内有真正的365平台吗_365bet博彩官网

        ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠭᠦ ᠬᠡᠷᠡᠭᠲᠡᠢ ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ ᠂ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠳᠤ ᠬᠦᠴᠦᠨ ᠴᠢᠳᠠᠯ ᠢᠶᠠᠨ ᠡᠷᠭᠦᠭᠦ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠡᠯ᠎ᠡ ᠱᠠᠲᠤᠨ ᠤ ᠨᠠᠮ ᠤᠨ ᠰᠤᠷᠭᠠᠭᠤᠯᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠤᠷᠭᠠᠭᠤᠯᠢ ᠡᠷᠭᠢᠯᠡᠭᠦ ᠵᠥᠪ ᠴᠢᠭᠯᠡᠯ ᠢ ᠪᠠᠷᠢᠮᠲᠠᠯᠠᠵᠤ ᠂ ᠨᠠᠮ ᠤᠨ ᠤᠯᠤᠰ ᠲᠦᠷᠦ ᠶᠢᠨ ᠱᠤᠭᠤᠮ ᠢ ᠤᠬᠠᠮᠰᠠᠷ ᠠᠴᠠ ᠪᠠᠨ ᠲᠠᠭᠠᠵᠤ ᠲᠡᠭᠦᠨ ᠳᠤ ᠦᠢᠯᠡᠴᠢᠯᠡᠵᠦ ᠂ ᠢᠮᠠᠭᠲᠠ ᠨᠠᠮ ᠳᠤ ᠴᠢᠳᠠᠪᠤᠷᠢᠲᠠᠨ ᠢ ᠬᠥᠮᠥᠵᠢᠭᠦᠯᠬᠦ ᠂ ᠨᠠᠮ ᠳᠤ ᠠᠷᠭ᠎ᠠ ᠪᠣᠳᠣᠯᠭ᠎ᠠ ᠭᠠᠷᠭᠠᠬᠤ ᠶᠢ ᠪᠡᠶᠡᠯᠡᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠴᠢᠩᠭ᠎ᠠ ᠠᠩᠬᠠᠷᠴᠤ ᠂ ᠤᠨᠤᠯ ᠲᠦᠷᠦ ᠶᠢᠨ ᠪᠣᠳᠣᠯᠭ᠎ᠠ ᠶᠢᠨ ᠰᠤᠳᠤᠯᠭᠠᠨ ᠪᠣᠯᠣᠨ ᠺᠠᠳ᠋ᠷ ᠤᠨ ᠪᠣᠯᠪᠠᠰᠤᠷᠠᠯ ᠢ ᠰᠠᠶᠢᠲᠤᠷ ᠬᠢᠵᠦ ᠂ ᠠᠵᠢᠯ ᠤᠨ ᠴᠢᠭᠯᠡᠭᠦᠯᠦᠯᠲᠦ ᠴᠢᠨᠠᠷ ᠪᠣᠯᠣᠨ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ︽ ᠲᠠᠪᠤᠨ ᠵᠠᠶᠢᠯᠠᠰᠢ ᠦᠭᠡᠢ ᠵᠠᠮ ︾ ᠤᠨ ᠴᠢᠬᠤᠯᠠ ᠲᠠᠨᠢᠯᠲᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ ᠂ ᠺᠠᠳ᠋ᠷ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠡᠩ ᠦᠨᠡᠨ ᠰᠡᠳᠬᠢᠯ ᠠᠴᠠ ᠪᠠᠨ ᠨᠠᠮ ᠤᠨ ᠠᠴᠢ ᠡᠨᠡᠷᠢᠯ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠪᠦᠯᠬᠦᠮᠳᠡᠨ ᠲᠡᠮᠡᠴᠡᠬᠦ ᠱᠠᠭᠠᠷᠳᠠᠯᠭ᠎ᠠ ᠶᠢ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠶᠠᠪᠤᠴᠠ ᠪᠣᠯᠣᠨ ᠡᠯ᠎ᠡ ᠲᠠᠯ᠎ᠠ ᠳᠤ ᠲᠤᠭᠤᠰᠢᠯᠠᠭᠤᠯᠵᠤ ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠤᠷᠤᠭᠰᠢᠯᠠᠵᠤ ᠰᠢᠨ᠎ᠡ ᠠᠶᠠᠨ ᠢᠶᠠᠷ ᠰᠠᠶᠢᠲᠤᠷ ᠵᠠᠮᠨᠠᠵᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃   
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ